7 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠬᠤᠲᠠ ᠶᠢᠨ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠢᠶᠦ᠋ᠩ ᠱᠢ ᠮᠢᠭᠮᠡᠨ | ᠰᠢᠲᠠᠷ᠎ᠠ ᠶᠢᠨ ᠨᠡᠶᠢᠭᠡᠮᠯᠢᠭ ᠠᠴᠠ ᠲᠠᠭᠠᠭᠠᠴᠢᠯᠠᠨ ᠡᠷᠭᠢᠯᠡᠭᠰᠡᠨ 2024 ᠣᠨ ᠤ ᠦᠬᠠᠶ ᠬᠤᠲᠠ ᠶᠢᠨ ︽ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠰᠠᠷ᠎ᠠ︾ ᠵᠢᠴᠢ ︽ᠪᠥᠬᠦ ᠤᠯᠤᠰ ᠤᠨ ᠮᠢᠭᠮᠡᠨ ᠰᠢᠲᠠᠷ᠎ᠠ ᠶᠢᠨ ᠨᠤᠲᠤᠭ︾ ᠤᠨ | ᠮᠢᠭᠮᠡᠨ ᠰᠢᠲᠠᠷ᠎ᠠ ᠶᠢᠨ ᠤᠷᠤᠯᠳᠤᠭᠠᠨ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠤᠷᠠᠯᠢᠭ ᠤᠨ ᠣᠷᠳᠣᠨ ᠳᠤ ᠶᠠᠪᠤᠭᠳᠠᠵᠤ᠂ ᠲᠣᠰ ᠤᠳᠠᠭᠠᠨ ᠤ ᠤᠷᠤᠯᠳᠤᠭᠠᠨ ᠳᠤ ᠱᠠᠨᠳᠦ᠋ᠩ᠂ ᠭᠠᠨᠰᠦ᠂ ᠱᠠᠨ ᠰᠢ | ᠵᠡᠷᠭᠡ 19 ᠮᠤᠵᠢ ᠬᠤᠲᠠ ᠶᠢᠨ 800 ᠭᠠᠷᠤᠶ ᠮᠢᠭᠮᠡᠨ ᠰᠢᠲᠠᠷ᠎ᠠ ᠶᠢᠨ ᠳᠤᠷ᠎ᠠ ᠪᠠᠭ᠋ᠠᠲᠠᠶ ᠬᠥᠮᠦᠰ ᠣᠷᠣᠯᠴᠠᠪᠠ᠃ | ᠤᠢᠢᠷ᠎ᠠ ᠶᠢᠨ ᠵᠢᠯ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠠᠷᠠᠳ | ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ | ᠪᠡᠶ᠎ᠡ ᠴᠢᠭᠢᠷᠠᠭᠵᠢᠭᠤᠯᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠢᠯᠡᠳᠲᠡ ᠠᠮᠵᠢᠯᠲᠠ ᠣᠯᠵᠠᠢ᠃ 2016 ᠣᠨ ᠤ 9 ᠰᠠᠷ᠎ᠠ ᠳᠤ᠂ ᠳᠤᠮᠳᠠᠳᠤ ᠤᠯᠤᠰ ᠤᠨ | ᠮᠢᠭᠮᠡᠨ ᠰᠢᠲᠠᠷ᠎ᠠ ᠶᠢᠨ ᠨᠡᠶᠢᠭᠡᠮᠯᠢᠭ ᠡᠴᠡᠮᠠᠨ ᠤ ᠬᠤᠲᠠ ᠳᠤ ︽ᠪᠦᠬᠦ ᠤᠯᠤᠰ ᠤᠨ ᠮᠢᠭᠮᠡᠨ ᠰᠢᠲᠠᠷ᠎ᠠ ᠶᠢᠨ ᠨᠤᠲᠤᠭ︾ | ᠬᠡᠮᠡᠬᠦ ᠴᠣᠯᠠ ᠣᠯᠭᠤᠪᠠ᠃ ᠣᠳᠣᠬᠠᠨ ᠳᠤ᠂ ᠮᠠᠨ ᠤ ᠬᠤᠲᠠ ᠶᠢᠨ ᠮᠢᠭᠮᠡᠨ ᠰᠢᠲᠠᠷ᠎ᠠ ᠶᠢᠨ ᠨᠡᠶᠢᠭᠡᠮᠯᠢᠭ ᠲᠤ ᠨᠢᠭᠡᠨᠲᠡ | ᠲᠤᠰᠬᠠᠶ ᠮᠡᠷᠭᠡᠵᠢᠯ ᠤᠨ ᠮᠢᠭᠮᠡᠨ ᠰᠢᠲᠠᠷ᠎ᠠ ᠶᠢᠨ ᠪᠣᠯᠪᠠᠰᠤᠷᠠᠭᠤᠯᠤᠯ ᠤᠨ ᠪᠠᠭᠰᠢ 42 ᠨᠡᠷᠡᠰ᠂ ᠲᠤᠰᠬᠠᠶ ᠮᠡᠷᠭᠡᠵᠢᠯ ᠤᠨ | ᠤᠷᠤᠯᠳᠤᠭᠠᠨ ᠤ ᠦᠢᠯᠡᠴᠢᠯᠡᠭᠡᠨ ᠤ ᠠᠵᠢᠯᠲᠠᠨ 53 ᠨᠡᠷᠡᠰ ᠪᠠᠶᠢᠵᠤ᠂ ᠵᠢᠯ ᠪᠦᠷᠢ ᠪᠥᠬᠦ ᠬᠤᠲᠠ ᠶᠢᠨ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠡᠷᠭᠡᠵᠢᠯ ᠤᠨ ᠪᠣᠰᠣ ᠤᠷᠤᠯᠳᠤᠭᠠᠨ ᠤ ᠠᠵᠢᠯᠯᠠᠭ᠎ᠠ ᠶᠢ 10 ᠭᠠᠷᠤᠶ | ᠤᠳᠠᠭ᠎ᠠ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠤᠯᠤᠰ ᠤᠨ ᠴᠢᠨᠠᠷᠲᠠᠶ ᠤᠷᠤᠯᠳᠤᠭᠠᠨ ᠳᠤ 10 | ᠭᠠᠷᠤᠶ ᠤᠳᠠᠭ᠎ᠠ ᠣᠷᠣᠯᠴᠠᠵᠤ᠂ ᠨᠡᠶᠢᠭᠡᠮᠯᠢᠭ ᠤᠨ ᠭᠡᠰᠢᠭᠦᠨ 2000 ᠭᠠᠷᠤᠶ ᠬᠥᠮᠦᠨ᠂ ᠵᠢᠯ ᠪᠦᠷᠢ ᠮᠢᠭᠮᠡᠨ | ᠰᠢᠲᠠᠷ᠎ᠠ ᠶᠢᠨ ᠬᠥᠳᠡᠯᠭᠡᠭᠡᠨ ᠳᠤ ᠣᠷᠣᠯᠴᠠᠭᠰᠠᠨ ᠬᠥᠮᠦᠨ ᠤ ᠲᠤᠭ᠎ᠠ 2 ᠲᠦᠮᠡ ᠰᠢᠬᠠᠮ ᠬᠦᠷᠦᠭᠰᠡᠨ ᠪᠠᠶᠢᠨ᠎ᠠ᠃ | ᠮᠠᠨ ᠤ ᠬᠤᠲᠠ ᠮᠢᠭᠮᠡᠨ ᠰᠢᠲᠠᠷ᠎ᠠ ᠶᠢᠨ ᠲᠥᠷᠥᠯ ᠵᠦᠢᠯ ᠢ ᠲᠦᠭᠡᠮᠡᠯᠵᠢᠭᠦᠯᠬᠦ ᠪᠠ ᠬᠥᠭᠵᠢᠭᠦᠯᠬᠦ ᠶᠢ ᠤᠯᠠᠮ | ᠨᠢᠭᠡ ᠠᠯᠬᠤᠮ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠨᠡᠶᠢᠲᠡ ᠪᠠᠷ ᠢᠶᠠᠨ | ᠣᠷᠣᠯᠴᠠᠭᠰᠠᠨ ᠮᠢᠭᠮᠡᠨ ᠰᠢᠲᠠᠷ᠎ᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠵᠤ᠂ ᠮᠢᠭᠮᠡᠨ | ᠰᠢᠲᠠᠷ᠎ᠠ ᠶᠢᠨ ᠬᠥᠳᠡᠯᠭᠡᠭᠡᠨ ᠤ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠮᠢᠭᠮᠡᠨ ᠰᠢᠲᠠᠷ᠎ᠠ ᠶᠢᠨ | ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠤᠯᠤᠨ᠎ᠠ᠃ |