ᠲᠠᠩ ᠢ ᠭᠤᠤᠯ ᠮᠥᠷᠡᠨ ᠢ ᠴᠠᠭᠳᠠᠨ ᠪᠠᠶᠢᠴᠠᠭᠠᠭᠰᠠᠨ ᠪᠥᠭᠡᠳ ᠰᠢᠷᠦᠭᠦᠨ ᠪᠣᠷᠣᠭᠠᠨ ᠠᠴᠠ ᠪᠤᠯᠵᠤ ᠡᠪᠳᠡᠭᠳᠡᠭᠰᠡᠨ ᠵᠠᠮ ᠵᠢᠴᠢ ᠪᠠᠷᠢᠯᠭ᠎ᠠ ᠶᠢ ᠵᠠᠪᠳᠤᠨ ᠵᠠᠰᠠᠵᠤ ᠪᠠᠶᠢᠭ᠎ᠠ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/8/13
     8 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠶᠡᠷᠦᠩᠬᠡᠶ ᠭᠤᠤᠯ ᠤᠨ ᠳᠠᠷᠤᠭ᠎ᠠ ᠲᠠᠩ ᠢ ᠭᠤᠤᠯ ᠮᠥᠷᠡᠨ ᠢ ᠴᠠᠭᠳᠠᠨ ᠪᠠᠶᠢᠴᠠᠭᠠᠭᠰᠠᠨ ᠪᠥᠭᠡᠳ ᠰᠢᠷᠦᠭᠦᠨ ᠪᠣᠷᠣᠭᠠᠨ ᠠᠴᠠ ᠪᠤᠯᠵᠤ ᠡᠪᠳᠡᠭᠳᠡᠭᠰᠡᠨ ᠵᠠᠮ ᠵᠢᠴᠢ ᠪᠠᠷᠢᠯᠭ᠎ᠠ ᠶᠢ ᠵᠠᠪᠳᠤᠨ ᠵᠠᠰᠠᠵᠤ ᠪᠠᠶᠢᠭ᠎ᠠ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠤᠤ ᠪᠥᠸᠧ᠂ ᠯᠢ ᠾᠧ ᠫᠢᠩ ᠣᠷᠣᠯᠴᠠᠪᠡ᠃      ᠲᠠᠩ ᠢ ᠦᠬᠠᠢ ᠶᠢᠨ ᠡᠨᠧᠷᠭᠢ ᠶᠢᠨ ᠤᠳᠠ ᠶᠢᠨ ᠠᠭᠤᠷᠬᠠᠢ ᠶᠢᠨ ᠣᠷᠣᠨ ᠤ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ ᠢᠨᠵᠧᠨᠧᠷᠢᠩ ᠤᠨ ᠢᠵᠢ ᠪᠦᠷᠢᠳᠦᠭᠦᠯᠬᠦ ᠲᠦᠷᠦᠯ ᠵᠦᠢᠯ ᠳᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠢᠴᠢ ᠭᠤᠣᠯ ᠤᠨ ᠵᠠᠮ ᠢ ᠵᠠᠰᠠᠭᠰᠠᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠭᠡᠵᠦ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠲᠤᠬᠠᠶ ᠰᠠᠨᠠᠯ︾ ᠨᠢ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠨᠠᠶᠢᠳᠠᠪᠤᠷᠢᠵᠢᠭᠤᠯᠬᠤ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ᠂ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠢᠮᠠᠭᠲᠠ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠪᠠᠨ ᠴᠢᠩᠭᠠᠳᠬᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠲᠥᠷᠥᠯ ᠵᠦᠢᠯ ᠳᠤ ᠬᠡᠷᠡᠭᠯᠡᠬᠦ ᠤᠰᠤᠨ ᠤ ᠡᠬᠢ ᠪᠠᠶᠠᠯᠢᠭ ᠤᠨ ᠢᠷᠡᠯᠲᠡ ᠵᠢᠴᠢ ᠬᠡᠷᠡᠭᠴᠡᠭᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠤᠲᠠᠯᠠᠵᠤ᠂ ᠤᠰᠤᠨ ᠤ ᠡᠬᠢ ᠪᠠᠶᠠᠯᠢᠭ ᠢ ᠦᠨᠡᠨ ᠬᠦ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ ᠪᠠᠶᠢᠪᠠᠰᠤ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ ᠭᠡᠵᠡᠢ᠃      ᠲᠠᠩ ᠢ ᠪᠠᠰᠠ ᠤᠳᠠ ᠲᠣᠭᠤᠷᠢᠭ ᠤᠨ ᠨᠡᠭᠦᠷᠡᠰᠦ ᠵᠥᠭᠡᠭᠡᠪᠦᠷᠢᠯᠡᠬᠦ ᠲᠤᠰᠬᠠᠢ ᠱᠤᠭᠤᠮ᠂ ᠤᠷᠲᠤ ᠭᠤᠤᠯ ᠵᠡᠷᠭᠡ ᠭᠠᠵᠠᠷ ᠲᠤ ᠬᠦᠷᠴᠦ᠂ ᠡᠪᠳᠡᠭᠳᠡᠭᠰᠡᠨ ᠵᠠᠮ ᠵᠢᠴᠢ ᠪᠠᠷᠢᠯᠭ᠎ᠠ ᠶᠢ ᠵᠠᠪᠳᠤᠨ ᠵᠠᠰᠠᠵᠣ ᠪᠠᠶᠢᠭ᠎ᠠ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠭᠡᠯᠡᠭᠰᠡᠨ ᠨᠢ᠂ ᠤᠰᠤᠨ ᠳᠤ ᠡᠪᠳᠡᠭᠳᠡᠭᠰᠡᠨ ᠬᠤᠬᠢᠷᠠᠯ ᠢ ᠪᠦᠷᠢᠳᠬᠡᠬᠦ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠪᠳᠡᠭᠳᠡᠭᠰᠡᠨ ᠲᠥᠬᠦᠭᠡᠷᠦᠮᠵᠢ ᠶᠢ ᠵᠠᠰᠠᠨ ᠰᠡᠷᠭᠦᠭᠡᠵᠦ ᠲᠠᠬᠢᠨ ᠪᠠᠶᠢᠭᠤᠯᠬᠤ ᠲᠥᠰᠦᠯ ᠢᠶᠠᠨ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠨᠤᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠵᠤᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠵᠠᠪᠳᠣᠨ ᠵᠠᠰᠠᠬᠤ ᠠᠵᠢᠯ ᠢᠶᠠᠨ ᠴᠢᠩᠭ᠎ᠠ ᠪᠣᠳᠠᠲᠠᠢ ᠠᠳᠬᠤᠵᠤ᠂ ᠠᠷᠠᠳ ᠤᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠡᠬᠡ ᠪᠠᠶᠢᠭᠠᠯᠢ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠡᠪᠦᠷᠯᠡᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠪᠴᠢ ᠪᠠᠨ ᠢᠮᠠᠭᠲᠠ ᠴᠢᠩᠭᠠᠷᠠᠭᠤᠯᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠤ ᠡᠳᠦᠷ ᠲᠤᠳᠤᠮ ᠤᠨ ᠬᠠᠮᠢᠶᠠᠷᠴᠤ ᠬᠠᠮᠠᠭᠠᠯᠠᠬᠤ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷ᠎ᠠ ᠶᠢ ᠠᠷᠢᠯᠭᠠᠬᠤ︾ ᠠᠵᠢᠯ ᠢ ᠦᠷᠭᠦᠯᠵᠢᠯᠡᠨ ᠥᠷᠨᠢᠭᠦᠯᠵᠦ᠂ ᠦᠶᠡᠷ ᠢ ᠥᠩᠭᠡᠷᠡᠭᠦᠯᠬᠦ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠠᠷᠢᠯᠭᠠᠵᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map