8 ᠰᠠᠷ᠎ᠠ ᠶᠢᠨ 28 ᠤ ᠡᠳᠦᠷ᠂ ᠬᠤᠲᠠ ᠶᠢᠨ ᠵᠠᠰᠠᠭ ᠤᠨ ᠣᠷᠳᠣᠨ ᠪᠤᠯᠤᠨ ᠥᠪᠥᠷ ᠮᠣᠩᠭᠤᠯ ᠤᠨ ᠵᠠᠮ | ᠬᠠᠷᠢᠯᠴᠠᠭᠠᠨ ᠤ ᠪᠡᠯᠡ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠥᠬᠡᠬᠤᠲᠠ ᠳᠤ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠥᠪᠥᠷ ᠮᠣᠩᠭᠤᠯ ᠤᠨ ᠵᠠᠮ ᠬᠠᠷᠢᠯᠴᠠᠭᠠᠨ ᠤ | ᠪᠠᠯᠠ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ | ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠮᠠ ᠸᠠᠨ ᠪᠢᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠢᠦᠶ ᠿᠧᠨ ᠵᠢᠶᠧ ᠭᠠᠷ ᠤᠨ ᠥᠰᠥᠭ ᠵᠢᠷᠤᠬᠤ ᠶᠣᠰᠣᠯᠠᠯ ᠢ | ᠡᠷᠭᠢᠯᠡᠪᠡ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠭᠤᠤ ᠪᠥᠸᠧ ᠬᠤᠲᠠ ᠶᠢᠨ | ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ | ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠶᠠᠨ ᠴᠦᠨ ᠬᠠᠮᠲᠤ ᠪᠠᠷ | ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃ | ᠵᠥᠪᠯᠡᠯᠴᠡᠭᠡᠷ ᠢ ᠦᠨᠳᠦᠰᠦᠯᠡᠪᠡᠯ᠂ ᠬᠤᠲᠠ ᠶᠢᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠵᠠᠮ | ᠬᠠᠷᠢᠯᠴᠠᠭᠠᠨ ᠤ ᠪᠠᠯᠠ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠵᠣᠯᠭᠠᠭᠤᠯᠤᠨ | ᠠᠬᠢᠭᠤᠯᠬᠤ ᠲᠣᠭᠲᠠᠴᠠ ᠶᠢ ᠪᠠᠶᠢᠭᠤᠯᠤᠨ᠂ ᠬᠤᠶᠠᠷ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠲᠡᠮᠦᠷ ᠵᠠᠮ ᠤᠨ ᠰᠦᠯᠵᠢᠶ᠎ᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠴᠢᠯᠡᠭᠡ᠂ ᠡᠳ᠋ | ᠬᠥᠷᠥᠩᠭᠡ ᠶᠢᠨ ᠬᠠᠮᠢᠶᠠᠷᠤᠯᠲᠠ᠂ ᠶᠡᠭᠡ ᠳ᠋ᠠᠶᠢᠲ᠋ᠠ ᠶᠢᠨ ᠪᠠᠯᠠ ᠣᠷᠣᠭᠤᠯᠤᠯᠲᠠ ᠵᠡᠷᠭᠡ ᠲᠠᠯ᠎ᠠ ᠪᠠᠷ ᠭᠦᠨᠵᠡᠭᠡᠶ | ᠬᠠᠮᠲᠤᠷᠠᠯᠴᠠᠵᠤ᠂ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠢ | ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠶᠠᠷ ᠲᠠᠯ᠎ᠠ ᠪᠠᠷ ᠢᠶᠠᠨ ᠲᠤᠰ ᠣᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ | ᠬᠠᠮᠲᠤᠷᠠᠯᠴᠠᠭᠠᠨ ᠤ ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡ | ᠠᠵᠢᠯ ᠡᠬᠢᠯᠡᠭᠦᠯᠬᠦ᠂ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ | ᠪᠦᠲᠦᠮᠵᠢ ᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃ |