ᠬᠠᠳᠤᠨ ᠭᠤᠤᠯ ᠤᠨ ᠰᠠᠪᠠ ᠭᠠᠵᠠᠷ ᠤᠨ ᠤᠰᠤ ᠡᠯᠡᠰᠦ ᠶᠢ ᠵᠠᠰᠠᠬᠤ ᠪᠠ ᠠᠰᠢᠭᠯᠠᠬᠤ ᠰᠤᠳᠤᠯᠤᠨ ᠶᠠᠷᠢᠯᠴᠠᠬᠤ ᠬᠤᠷᠠᠯ ᠮᠠᠨ ᠤ ᠬᠤᠲᠠ ᠳᠤ ᠬᠤᠷᠠᠯᠳᠣᠬᠤ ᠪᠤᠯᠤᠨ᠎ᠠ
ᠨᠡᠶᠢᠲᠡᠯᠡᠭᠰᠡᠨ ᠴᠠᠭ᠄
2024/9/18
     ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠬᠠᠲᠤᠨ ᠭᠤᠤᠯ ᠤᠨ ᠰᠠᠪᠠ ᠭᠠᠵᠠᠷ ᠤᠨ ᠤᠰᠤ ᠡᠯᠡᠰᠦ ᠶᠢ ᠵᠠᠰᠠᠬᠤ ᠪᠠ ᠠᠰᠢᠭᠯᠠᠬᠤ ᠰᠤᠳᠤᠯᠤᠨ ᠶᠠᠷᠢᠯᠴᠠᠬᠤ ᠬᠤᠷᠠᠯ 9 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ ᠮᠠᠨ ᠤ ᠬᠤᠲᠠ ᠳᠤ ᠬᠤᠷᠠᠯᠳᠣᠬᠤ ᠪᠤᠯᠤᠨ᠎ᠠ᠃      ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠬᠠᠲᠤᠨ ᠭᠤᠤᠯ ᠤᠨ ᠤᠰᠤ ᠡᠯᠡᠰᠦ ᠶᠢ ᠵᠠᠰᠠᠬᠤ ᠪᠠ ᠠᠰᠢᠭᠯᠠᠬᠤ ᠰᠢᠨ᠎ᠡ ᠶᠢ ᠡᠭᠦᠳᠬᠦ ᠰᠤᠳᠤᠯᠭᠠᠨ ᠤ ᠰᠠᠭᠤᠷᠢᠨ ᠭᠠᠵᠠᠷ ᠠᠴᠠ ᠭᠤᠤᠯᠯᠠᠨ ᠡᠷᠭᠢᠯᠡᠵᠦ᠂ ᠬᠠᠲᠤᠨ ᠭᠤᠤᠯ ᠤᠨ ᠤᠰᠤ ᠡᠯᠡᠰᠦᠨ ᠤ ᠬᠠᠷᠢᠴᠠᠭ᠎ᠠ ᠵᠢᠴᠢ ᠠᠷᠭᠠᠴᠠᠭᠠᠬᠤ ᠠᠷᠭ᠎ᠠ ᠪᠣᠳᠣᠯᠭ᠎ᠠ᠂ ᠦᠬᠠᠶ ᠬᠤᠲᠠ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠠᠶᠢᠷᠤᠪ ᠤᠨ ᠲᠣᠬᠤᠶ ᠶᠢᠨ ᠤᠰᠤᠨ ᠴᠥᠭᠦᠷᠥᠮ ᠤᠨ ᠰᠢᠪᠠᠷ ᠰᠢᠷᠣᠶ ᠶᠢ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠬᠢᠭᠡᠳ ᠪᠠᠯᠠ ᠴᠤᠭᠯᠠᠭᠤᠯᠬᠤ ᠵᠠᠭᠪᠤᠷ+ ᠣᠯᠠᠨ ᠰᠢᠪᠠᠷ ᠰᠢᠷᠣᠶ ᠲᠠᠢ ᠭᠤᠤᠯ ᠮᠥᠷᠡᠨ ᠤ ᠡᠯᠡᠰᠦ ᠰᠢᠪᠠᠷ ᠢ ᠵᠢᠷᠤᠵᠤ ᠲᠥᠯᠥᠪᠯᠡᠬᠦ ᠪᠠ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠵᠡᠷᠭᠡ ᠲᠠᠯ᠎ᠠ ᠪᠠᠷ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠶᠢᠨ ᠬᠠᠮᠲᠤ᠂ ᠬᠠᠶᠢᠷᠤᠪ ᠤᠨ ᠲᠣᠬᠤᠢ ᠶᠢᠨ ᠤᠰᠤᠨ ᠴᠥᠭᠦᠷᠥᠮ ᠤᠨ ᠬᠤᠷᠠᠳᠠᠰᠣ ᠶᠢ ᠠᠷᠢᠯᠭᠠᠬᠤ ᠲᠥᠰᠦᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠵᠢᠯ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠴᠥᠭᠦᠷᠥᠮ ᠤᠨ ᠬᠤᠷᠠᠳᠠᠰᠣ ᠶᠢ ᠵᠠᠰᠠᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠪᠣᠯᠤᠨ᠎ᠠ᠃      ᠤᠢᠢᠷ᠎ᠠ ᠶᠢᠨ ᠵᠢᠯ ᠠᠴᠠ ᠨᠠᠰᠢ᠂ ᠮᠠᠨ ᠤ ᠬᠤᠳᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠢ ᠭᠠᠵᠠᠷ ᠣᠷᠣᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠮᠢᠩᠭᠠᠨ ᠣᠨ ᠤ ᠶᠡᠭᠡ ᠪᠤᠳᠤᠯᠭ᠎ᠠ ᠪᠣᠯᠭᠠᠵᠤ᠂ ᠱᠦᠵᠢ ᠰᠢ ᠶᠢᠨ ᠫᠢᠩ ᠶᠡᠷᠦᠩᠬᠡᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠦᠷᠳᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠰᠤᠨ ᠴᠥᠭᠦᠷᠥᠮ ᠤᠨ ᠬᠤᠷᠠᠳᠠᠰᠣ ᠶᠢ ᠴᠡᠪᠡᠷᠯᠡᠬᠦ᠂ ᠠᠭᠤᠷᠬᠠᠢ ᠶᠢᠨ ᠣᠷᠣᠨ ᠢ ᠵᠠᠰᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ︽ᠪᠦᠬᠦᠯᠢ ᠴᠣᠭᠴᠠ ᠶᠢᠨ ᠳᠠᠶᠢᠯᠠᠯᠳᠤᠭᠠᠨ᠂ ᠬᠠᠮᠵᠢᠯᠴᠠᠬᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃      ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠪᠣᠯ ᠬᠠᠳᠤᠨ ᠭᠤᠣᠯ ᠤᠨ ᠤᠰᠤ ᠡᠯᠡᠰᠦ ᠶᠢ ᠲᠣᠬᠢᠷᠠᠭᠤᠯᠤᠨ ᠡᠵᠡᠮᠳᠡᠬᠦ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ 2013 ᠣᠨ ᠤ 8 ᠰᠠᠷ᠎ᠠ ᠳᠤ ᠬᠠᠰᠢᠵᠦ ᠤᠰᠤ ᠬᠠᠳᠠᠭᠠᠯᠠᠬᠤ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠭᠤᠣᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ︵ᠦᠶᠡᠷ︶ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠦᠭᠰᠡᠨ ᠪᠥᠭᠡᠳ ᠮᠠᠨ ᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ ᠭᠡᠪᠡᠴᠦ ᠣᠶᠢᠷ᠎ᠠ ᠶᠢᠨ ᠵᠢᠯ ᠤᠳ ᠲᠤ ᠳᠡᠭᠡᠳᠦ ᠤᠷᠤᠰᠬᠠᠯ ᠤᠨ ᠡᠯᠡᠰᠦᠨ ᠤ ᠨᠥᠯᠥᠭᠡ ᠶᠢ ᠬᠦᠷᠲᠡᠵᠦ᠂ ᠤᠰᠤᠨ ᠴᠥᠭᠦᠷᠥᠮ ᠤᠨ ᠰᠢᠪᠠᠷ ᠬᠤᠷᠠᠬᠤ ᠠᠰᠠᠭᠤᠳᠠᠯ ᠬᠦᠨᠳᠦ ᠨᠣᠴᠢᠲᠠᠶ ᠪᠤᠯᠵᠤ᠂ ᠤᠰᠤᠨ ᠴᠥᠭᠦᠷᠥᠮ ᠤᠨ ᠴᠢᠳᠠᠮᠵᠢ ᠶᠢ ᠪᠠᠳᠠᠷᠠᠭᠤᠯᠬᠤ ᠪᠠ ᠡᠷᠬᠢᠨ ᠲᠣᠭᠤᠷᠢᠨ ᠤ ᠠᠮᠢ ᠠᠬᠤᠶ ᠣᠷᠴᠢᠨ ᠲᠣᠭᠤᠷᠢᠨ ᠳᠤ ᠠᠰᠢᠭ ᠥᠬᠡᠶ ᠨᠥᠯᠥᠭᠡ ᠦᠵᠡᠭᠦᠯᠦᠭᠰᠡᠨ ᠪᠠᠶᠢᠨ᠎ᠠ᠃ ᠲᠤᠰ ᠤᠳᠠᠭᠠᠨ ᠤ ᠬᠠᠳᠤᠨ ᠭᠤᠣᠯ ᠤᠨ ᠰᠠᠪᠠ ᠭᠠᠵᠠᠷ ᠤᠨ ᠤᠰᠤ ᠡᠯᠡᠰᠦ ᠶᠢ ᠵᠠᠰᠠᠬᠤ ᠪᠠ ᠠᠰᠢᠭᠯᠠᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠣᠭᠤᠯᠬᠤ ᠨᠢ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠤᠰᠤᠨ ᠴᠥᠭᠦᠷᠥᠮ ᠤᠨ ᠪᠠᠭᠲᠠᠭᠠᠮᠵᠢ ᠶᠢ ᠤᠷᠳᠤ ᠬᠤᠭᠤᠴᠠᠭ᠎ᠠ ᠪᠠᠷ ᠪᠠᠲᠤᠯᠠᠵᠤ᠂ ᠬᠠᠳᠤᠨ ᠭᠤᠣᠯ ᠤᠨ ᠥᠪᠥᠷ ᠮᠣᠩᠭᠤᠯ ᠤᠨ ᠭᠤᠣᠯ ᠤᠨ ᠬᠡᠰᠡᠭ ᠤᠨ ᠦᠶᠡᠷ ᠢ ᠰᠡᠷᠭᠡᠶᠢᠯᠡᠬᠦ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠵᠤ᠂ ᠤᠯᠠᠨ ᠡᠯᠡᠰᠦ ᠲᠠᠢ ᠭᠤᠣᠯ ᠮᠦᠷᠡᠨ᠂ ᠤᠰᠤᠨ ᠴᠥᠭᠦᠷᠥᠮ ᠤᠨ ᠡᠯᠡᠰᠦ ᠰᠢᠪᠠᠷ ᠢ ᠤᠷᠳᠤ ᠬᠤᠭᠤᠴᠠᠭ᠎ᠠ ᠪᠠᠷ ᠪᠦᠲᠦᠮᠵᠢᠲᠡᠢ ᠵᠠᠰᠠᠬᠤ ᠰᠢᠨ᠎ᠡ ᠬᠡᠪ ᠳᠠᠭᠤᠷᠢᠶᠠᠯ ᠢ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map