8 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠶᠢᠨ ᠬᠤ᠋ ᠡᠨᠧᠷᠭᠢ ᠬᠠᠳᠠᠭᠠᠯᠠᠬᠤ ᠲᠤᠰᠠᠭᠠᠷ ᠴᠠᠬᠢᠯᠭᠠᠨ | ᠦᠷᠳᠡᠭᠡ ᠶᠢᠨ ᠲᠦᠷᠦᠯ ᠵᠦᠢᠯ ᠤᠳᠠ ᠲᠣᠭᠤᠷᠢᠭ ᠲᠤ ᠠᠵᠢᠯ ᠡᠬᠢᠯᠡᠭᠦᠯᠪᠡ᠃ | ᠣᠶᠢᠯᠠᠭᠠᠭᠰᠠᠨ ᠢᠶᠠᠷ᠂ ᠶᠤᠸᠠᠨ ᠵᠢᠩ ᠮᠧᠩ ᠰᠢᠨ ᠪᠦᠯᠦᠭᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ 4 ᠲᠥᠷᠥᠯ ᠵᠦᠢᠯ ᠢ ᠲᠥᠪᠯᠡᠷᠡᠭᠦᠯᠦᠨ | ᠠᠵᠢᠯ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ ᠲᠤ ᠬᠦᠷᠴᠦ᠂ | ᠬᠡᠪᠴᠢᠶ᠎ᠡ ᠨᠢ 40 ᠲᠦᠮᠡᠨ ᠺᠢᠯᠣᠸᠠᠲ ᠴᠠᠭ/ 160 ᠲᠦᠮᠡᠨ ᠺᠢᠯᠣᠸᠠᠲ ᠴᠠᠭ ᠬᠦᠷᠪᠡ᠃ ᠡᠭᠦᠨ ᠳᠤ᠂ ᠦᠬᠠᠢ | ᠬᠤᠳᠠ ᠶᠢᠨ ᠶᠢᠨ ᠬᠤ᠋ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠪᠣᠯ ᠹᠣᠰᠹᠣᠷ | ᠬᠦᠴᠢᠯ ᠤᠨ ᠲᠡᠮᠦᠷ ᠤᠨ ᠯᠢᠲ᠋ᠢ ᠴᠠᠬᠢᠯᠭᠠᠨ ᠴᠡᠨᠡᠭ ᠢᠶᠠᠷ ᠡᠨᠧᠷᠭᠢ ᠬᠠᠳᠠᠭᠠᠯᠠᠬᠤ ᠵᠠᠭᠤᠴᠢ ᠪᠣᠯᠭᠠᠭᠰᠠᠨ ᠴᠠᠬᠢᠯᠭᠠᠨ | ᠲᠣᠣᠷ ᠤᠨ ᠲᠠᠯ᠎ᠠ ᠶᠢᠨ ᠡᠨᠧᠷᠭᠢ ᠬᠠᠳᠠᠭᠠᠯᠠᠬᠤ ᠲᠤᠰᠠᠭᠠᠷ ᠲᠦᠷᠦᠯ ᠵᠦᠢᠯ ᠪᠣᠯᠤᠨ᠎ᠠ᠂ 4.4 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 100 ᠰᠠᠶ᠎ᠠ ᠸᠠᠲ/ 400 ᠰᠠᠶ᠎ᠠ ᠸᠠᠲ ᠴᠠᠭ ᠤᠨ ᠰᠢᠨ᠎ᠡ | ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢ ᠪᠠᠶᠢᠭᠤᠯᠬᠤ ᠶᠢᠨ ᠬᠠᠮᠲᠤ 110 ᠺᠢᠯᠤᠸᠤᠯᠲ ᠤᠨ | ᠬᠦᠴᠦᠳᠡᠯ ᠳᠡᠭᠡᠭᠰᠢᠯᠡᠭᠦᠯᠬᠦ ᠦᠷᠳᠡᠭᠡ ᠶᠢ ᠢᠵᠢ ᠪᠦᠷᠢᠳᠦᠭᠦᠯᠦᠨ ᠪᠦᠳᠦᠭᠡᠨ ᠪᠠᠶᠢᠭᠤᠯᠤᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠢᠰᠲ᠋ᠧᠮ ᠤᠨ ᠲᠣᠬᠢᠷᠠᠭᠤᠯᠬᠤ ᠴᠢᠳᠠᠪᠤᠷᠢ ᠶᠢ | ᠳᠡᠭᠡᠭᠰᠢᠯᠡᠭᠦᠯᠬᠦ᠂ ᠴᠠᠬᠢᠯᠭᠠᠨ ᠬᠡᠷᠡᠭᠯᠡᠬᠦ ᠣᠷᠭᠢᠯ ᠤᠨ ᠬᠤᠭᠤᠴᠠᠭ᠎ᠠ ᠶᠢ ᠪᠠᠲᠤᠯᠠᠬᠤ᠂ ᠴᠠᠬᠢᠯᠭᠠᠨ ᠲᠣᠤᠷ ᠤᠨ ᠴᠠᠬᠢᠯᠭᠠᠨ | ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠬᠦ ᠵᠡᠷᠭᠡ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ | ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠥᠪᠥᠷ ᠮᠣᠩᠭᠤᠯ ᠤᠨ | ᠴᠠᠬᠢᠯᠭᠠᠨ ᠲᠣᠤᠷ ᠤᠨ ᠲᠠᠯ᠎ᠠ ᠶᠢᠨ ᠡᠨᠧᠷᠭᠢ ᠬᠠᠳᠠᠭᠠᠯᠠᠬᠤ ᠮᠡᠷᠭᠡᠵᠢᠯ ᠤᠨ ᠲᠥᠷᠥᠯ ᠬᠡᠯᠪᠡᠷᠢ ᠶᠢ ᠪᠠᠶᠠᠯᠢᠭᠵᠢᠭᠤᠯᠵᠤ᠂ | ᠴᠠᠬᠢᠯᠭᠠᠨ ᠲᠣᠤᠷ ᠤᠨ ᠪᠦᠬᠦᠯᠢ ᠴᠣᠭᠴᠠ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠵᠦ᠂ ᠮᠠᠨ ᠤ ᠬᠤᠲᠠ ᠶᠢᠨ ᠰᠢᠨ᠎ᠡ ᠡᠨᠧᠷᠭᠢ ᠶᠢᠨ ᠠᠵᠤ ᠦᠶ᠋ᠯᠡᠰ ᠤᠨ ᠰᠠᠭᠤᠷᠢᠨ ᠭᠠᠵᠠᠷ᠂ ᠪᠣᠬᠢᠷᠲᠤᠯ | ᠥᠬᠡᠶ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠲᠤ ᠨᠠᠩ ᠣᠯᠠᠨ ᠡᠰᠢᠵᠢᠭᠰᠡᠨ᠂ ᠨᠠᠩ ᠬᠦᠴᠦᠷᠬᠡᠭ ᠬᠥᠳᠡᠯᠭᠡᠬᠦ | ᠡᠨᠧᠷᠭᠢ ᠨᠡᠮᠡᠷᠢᠯᠡᠬᠦ ᠪᠤᠯᠤᠨ᠎ᠠ᠃ |